阿巴嘎旗人民检察院
起 诉 书
阿检公诉刑诉〔2019〕81号
ᠵᠠᠭᠠᠯᠳᠤᠭᠳᠠᠭᠴᠢ ᠭᠠᠩ **᠂ ᠡᠷᠡᠭᠲᠡᠢ᠂ 1993 ᠣᠨ ᠤ ** ᠰᠠᠷᠠ ᠶᠢᠨ ** ᠦ ᠡᠳᠦᠷ ᠲᠦᠷᠦᠵᠡᠢ ᠂ ᠪᠡᠶᠡ ᠶᠢᠨ ᠦᠨᠡᠮᠯᠡᠯ ᠦᠨ ᠨᠣᠮᠸᠷ᠄ 1525221993********᠂ ᠡᠷᠦᠬᠡ ᠠᠮᠠ ᠪᠠᠶᠢᠭᠠ ᠭᠠᠵᠠᠷ ᠄ ᠦᠪᠦᠷ ᠮᠤᠩᠭᠤᠯ ᠤᠨ ᠠᠪᠠᠭᠠ ᠬᠣᠰᠢᠭᠤᠨ ᠤ ** ᠰᠤᠮᠤᠨ ᠤ ** ᠭᠠᠴᠠᠭᠠ ᠮᠤᠩᠭᠤᠯ ᠦᠨᠳᠦᠰᠦᠲᠡᠨ᠂ ᠶᠡᠬᠡ ᠰᠤᠷᠭᠠᠭᠤᠯᠢ ᠶᠢᠨ ᠰᠣᠶᠤᠯ ᠲᠠᠢ᠂ ᠠᠵᠢᠯ ᠦᠭᠡᠢ ᠣᠳᠤ ᠠᠪᠠᠭᠠ ᠬᠣᠰᠢᠭᠤᠨ ᠤ ** ᠪᠠᠯᠭᠠᠰᠤᠨ ᠤ ** ᠲᠣᠭᠤᠷᠢᠭ ᠲᠤ ᠰᠠᠭᠤᠵᠦ ᠪᠤᠢ᠂ ᠶᠠᠯᠠᠯᠠᠭᠳᠠᠵᠤ ᠦᠩᠭᠡᠷᠡᠭᠰᠡᠨ ᠦᠭᠡᠢ ᠃ 2019 ᠣᠨ ᠤ 4 ᠰᠠᠷᠠ ᠶᠢᠨ 17 ᠤ ᠡᠳᠦᠷ ᠠᠶᠤᠯᠲᠠᠢ ᠵᠢᠯᠤᠭᠤᠳᠤᠭᠰᠠᠨ ᠬᠡᠷᠡᠭ ᠦᠨ ᠰᠡᠵᠢᠭᠯᠡᠯ ᠢᠶᠡᠷ ᠠᠪᠠᠭᠠ ᠬᠣᠰᠢᠭᠤᠨ ᠤ ᠳᠣᠲᠤᠭᠠᠳᠤ ᠶᠢ ᠬᠠᠮᠠᠭᠠᠯᠠᠬᠤ ᠲᠤᠪᠴᠢᠶᠠᠨ ᠳᠤ ᠬᠠᠤᠯᠢ ᠶᠣᠰᠤᠭᠠᠷ ᠪᠠᠲᠤᠯᠠᠭᠠ ᠠᠪᠴᠦ ᠰᠢᠭᠦᠯᠲᠡ ᠶᠢ ᠬᠦᠯᠢᠶᠡᠬᠦ ᠭᠠᠷ ᠭᠦᠢᠴᠡᠳᠭᠡᠯ ᠬᠢᠪᠡ᠃ 2019 ᠣᠨ ᠤ 12 ᠰᠠᠷᠠ ᠶᠢᠨ 3 ᠤ ᠡᠳᠦᠷ ᠮᠠᠨ ᠤ ᠬᠣᠷᠢᠶᠠᠨ ᠳᠤ ᠳᠠᠬᠢᠨᠲᠠ ᠪᠠᠲᠤᠯᠠᠭᠠ ᠠᠪᠴᠤ ᠰᠢᠭᠦᠯᠲᠡ ᠶᠢ ᠭᠠᠷ ᠭᠦᠢᠴᠡᠳᠭᠡᠯ ᠬᠢᠪᠡ᠃
ᠲᠤᠰ ᠬᠡᠷᠡᠭ ᠢ ᠠᠪᠠᠭᠠ ᠬᠣᠰᠢᠭᠤᠨ ᠤ ᠳᠣᠲᠤᠭᠠᠳᠤ ᠶᠢ ᠬᠠᠮᠠᠭᠠᠯᠠᠬᠤ ᠪᠠᠶᠢᠴᠠᠭᠠᠵᠤ ᠳᠠᠭᠤᠰᠬᠠᠭᠠᠳ᠂ ᠵᠠᠭᠠᠯᠳᠤᠭᠳᠠᠭᠴᠢ ᠭᠠᠩ ** ᠶᠢ ᠠᠶᠤᠯᠲᠠᠢ ᠵᠢᠯᠤᠭᠤᠳᠤᠭᠰᠠᠨ ᠶᠠᠯᠠ ᠶᠢᠨ ᠰᠡᠵᠢᠭᠯᠡᠯ ᠢᠶᠡᠷ ᠂ 2019 ᠣᠨ ᠤ 12 ᠰᠠᠷᠠ ᠶᠢᠨ 3 ᠤ ᠡᠳᠦᠷ ᠮᠠᠨ ᠤ ᠬᠣᠷᠢᠶᠠᠨ ᠳᠤ ᠬᠢᠨᠠᠨ ᠵᠠᠭᠠᠯᠳᠤᠭᠤᠯᠬᠤ ᠪᠡᠷ ᠰᠢᠯᠵᠢᠭᠦᠯᠦᠨ ᠢᠷᠡᠭᠦᠯᠵᠡᠢ ᠃ ᠲᠤᠰ ᠬᠤᠷᠢᠶᠠ ᠬᠡᠷᠡᠭ ᠢ ᠬᠦᠯᠢᠶᠡᠨ ᠠᠪᠤᠭᠰᠠᠨ ᠤ ᠳᠠᠷᠠᠭᠠ᠂ 2019 ᠣᠨ ᠤ 12 ᠰᠠᠷᠠ ᠶᠢᠨ 3 ᠦ ᠡᠳᠦᠷ ᠵᠠᠭᠠᠯᠳᠤᠭᠳᠠᠭᠴᠢ ᠳᠤ ᠦᠮᠦᠭᠯᠡᠭᠴᠢ ᠵᠠᠯᠠᠬᠤ ᠡᠷᠬᠡ ᠲᠠᠢ ᠪᠠ ᠶᠠᠯᠠ ᠪᠠᠨ ᠮᠡᠳᠡᠷᠡᠵᠤ ᠰᠢᠳᠭᠡᠯ ᠬᠦᠯᠢᠶᠡᠬᠦ ᠶᠢᠨ ᠬᠠᠤᠯᠢ ᠶᠢᠨ ᠦᠷᠡ ᠨᠦᠯᠦᠭᠡ ᠶᠢ ᠮᠡᠳᠡᠭᠳᠡᠨ᠂ ᠬᠣᠣᠷᠯᠠᠭᠳᠠᠭᠴᠢ ᠳᠦ ᠵᠠᠷᠭᠤ ᠶᠢᠨ ᠣᠷᠤᠯᠠᠭᠴᠢ ᠨᠠᠶᠢᠳᠠᠬᠤ ᠡᠷᠬᠡ ᠲᠠᠢ ᠭᠡᠵᠤ ᠮᠡᠳᠡᠭᠳᠡᠪᠡ᠃ ᠵᠠᠭᠠᠯᠳᠤᠭᠳᠠᠭᠴᠢ ᠶᠢ ᠰᠢᠭᠦᠨ ᠠᠰᠠᠭᠤᠵᠤ ᠂ ᠵᠠᠭᠠᠯᠳᠤᠭᠳᠠᠭᠴᠢ ᠪᠠ ᠵᠢᠵᠢᠭᠦᠷᠯᠡᠭᠴᠢ ᠬᠠᠤᠯᠢᠴᠢ ᠶᠢᠨ ᠰᠠᠨᠠᠯ ᠢ ᠰᠣᠨᠤᠰᠴᠤ᠂ ᠪᠦᠬᠦ ᠬᠡᠷᠡᠭ ᠦᠨ ᠮᠠᠲᠸᠷᠢᠶᠠᠯ ᠢ ᠬᠢᠨᠠᠨ ᠪᠠᠶᠢᠴᠠᠭᠠᠪᠠ ᠃ ᠵᠠᠭᠠᠯᠳᠤᠭᠳᠠᠭᠴᠢ ᠭᠠᠩ ** ᠳᠦᠭᠦᠮ ᠵᠢᠷᠤᠮ ᠢᠶᠠᠷ ᠰᠢᠭᠦᠬᠦ ᠶᠢ ᠵᠦᠪᠰᠢᠶᠡᠷᠡᠪᠡ᠃
ᠬᠠᠤᠯᠢ ᠶᠣᠰᠤᠭᠠᠷ ᠬᠢᠨᠠᠨ ᠪᠠᠶᠢᠴᠠᠭᠠᠵᠤ ᠲᠤᠳᠤᠯᠠᠭᠰᠠᠨ ᠨᠢ ᠄ 2019 ᠣᠨ ᠤ 3 ᠰᠠᠷᠠ ᠶᠢᠨ 25 ᠦ ᠡᠳᠦᠷ ᠦᠨ 21ᠴᠠᠭ 10 ᠮᠢᠨᠦ᠋ᠲ ᠦᠨ ᠦᠶᠡ ᠪᠡᠷ᠂ ᠵᠠᠭᠠᠯᠳᠤᠭᠳᠠᠭᠴᠢ ᠭᠠᠩ ** ᠠᠷᠢᠬᠢᠨ ᠰᠣᠭᠲᠤᠭᠤ ᠪᠠᠷ蒙H****L ᠨᠣᠮᠸᠷᠲᠤ ᠪᠠᠭᠠ ᠵᠢᠯᠤᠭᠤᠳᠤᠨ᠂ ** ᠪᠠᠯᠭᠠᠰᠤᠨ ᠤ ᠭᠣᠣᠯ ᠲᠤᠨᠤᠯᠵᠢᠨ ᠵᠠᠮ ᠢᠶᠠᠷ ᠬᠣᠶᠢᠰᠢ ᠶᠠᠪᠤᠵᠤ ᠪᠠᠭᠠᠴᠣᠳ ᠤᠨ ᠣᠷᠳᠣᠨ ᠬᠦᠷᠬᠦ ᠳᠤ ** ᠰᠠᠭᠤᠭᠠᠯᠢ ᠲᠤᠭᠤᠷᠢᠭ ᠤᠨ ᠡᠭᠦᠳᠡᠨ ᠡᠴᠡ ᠪᠠᠷᠠᠭᠤᠨᠰᠢ ᠶᠠᠪᠤᠵᠤ ᠪᠠᠶᠢᠭᠰᠠᠨ ᠴᠠᠬᠢᠯᠭᠠᠨ ᠮᠣᠲ᠋ᠣᠷ ᠡᠴᠡ ᠵᠠᠶᠢᠯᠠᠭᠠᠳ ᠲᠡᠷᠭᠡ ᠨᠢ ᠬᠦᠷᠪᠡᠵᠤ᠂ ᠵᠠᠮ ᠤᠨ ᠬᠠᠵᠠᠭᠤ ᠶᠢᠨ ᠷᠠᠳᠢᠣ᠋ ᠲᠤᠣᠷ ᠰᠦᠯᠵᠢᠶᠡ ᠪᠠ ᠰᠢᠯᠵᠢᠮᠡᠯ ᠴᠢᠮᠡᠭᠡ ᠨᠡᠪᠳᠡᠷᠡᠭᠦᠯᠭᠡ ᠶᠢᠨ ᠬᠠᠶᠢᠷᠴᠠᠭ ᠢ ᠮᠦᠷᠭᠦᠨ ᠡᠪᠳᠦᠯᠡᠵᠤ᠂ ᠳᠠᠬᠢᠨ ᠴᠠᠬᠢᠯᠭᠠᠨ ᠮᠣᠲ᠋ᠤᠷ ᠲᠠᠢ ᠵᠸᠥ ** ᠶᠢ ᠣᠨᠤᠨ ᠰᠢᠷᠬᠠᠳᠤᠭᠤᠯᠪᠠ᠂ ᠵᠠᠭᠠᠯᠳᠤᠭᠳᠠᠭᠴᠢ ᠭᠠᠩ ** ᠲᠤᠰ ᠬᠡᠷᠡᠭ ᠦᠨ ᠪᠦᠬᠦ ᠬᠠᠷᠢᠭᠤᠴᠠᠯᠭᠠ ᠶᠢ ᠡᠭᠦᠷᠭᠡᠯᠡᠨᠡ᠃ ᠭᠠᠩ** ᠶᠢᠨ ᠤᠨ ᠬᠡᠮᠵᠢᠶᠡ 224.63 mg/100 ml ᠪᠠᠶᠢᠵᠤ᠂ ᠠᠷᠢᠬᠢᠨ ᠳᠤ ᠰᠣᠭᠲᠤᠭᠰᠠᠨ ᠳᠤ ᠲᠣᠭᠠᠴᠢᠭᠳᠠᠨᠠ᠃
ᠳᠡᠭᠡᠷᠡᠬᠢ ᠪᠤᠳᠠᠳᠤ ᠶᠠᠪᠤᠳᠠᠯ ᠢ ᠨᠣᠲᠠᠯᠠᠬᠤ ᠭᠡᠷᠡᠴᠢ ᠪᠠᠷᠢᠮᠳᠠ᠄ ᠬᠡᠷᠡᠭ ᠬᠦᠯᠢᠶᠡᠨ ᠠᠪᠤᠭᠰᠠᠨ ᠳᠠᠩᠰᠠᠯᠠᠯ᠂ ᠵᠠᠭᠠᠯᠳᠤᠭᠳᠠᠭᠴᠢ ᠶᠢᠨ ᠪᠠᠷᠢᠭᠳᠠᠭᠰᠠᠨ ᠦᠩᠭᠡᠷᠡᠯᠲᠡ᠂ ᠡᠷᠦᠬᠡ ᠠᠮᠠ ᠶᠢᠨ ᠭᠡᠷᠡᠴᠢ᠂ ᠬᠡᠮᠵᠢᠶᠡᠨ ᠦ ᠭᠡᠷᠡᠴᠢ ᠪᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠢᠳᠭᠡᠯ ᠢᠶᠡᠷ ᠰᠢᠳᠭᠡᠬᠦ ᠲᠤᠭᠲᠠᠭᠠᠯ ᠤᠨ ᠪᠢᠴᠢᠭ᠂ ᠬᠡᠯᠡᠯᠴᠡᠭᠡᠷ ᠦᠨ ᠪᠢᠴᠢᠭ ᠪᠠ ᠠᠭᠤᠴᠢᠯᠠᠯ ᠤᠨ ᠪᠢᠴᠢᠭ ᠵᠡᠷᠭᠡ ᠪᠢᠴᠢᠭ ᠦᠨ ᠭᠡᠷᠡᠴᠢ︔ ᠬᠣᠣᠷᠯᠠᠭᠳᠠᠭᠴᠢ ᠵᠸᠥ ** ᠶᠢᠨ ᠲᠣᠭᠠᠴᠢᠯᠲᠠ︔ ᠭᠡᠷᠡᠴᠢᠯᠡᠭᠴᠢ ᠮᠧᠢ ** ᠶᠢᠨ ᠭᠡᠷᠡᠴᠢ ᠦᠭᠡ︔ ᠵᠠᠮ ᠬᠠᠷᠢᠯᠴᠠᠭᠠᠨ ᠤ ᠭᠡᠨᠡᠳᠡᠯ ᠢ ᠮᠠᠭᠠᠳᠯᠠᠨ ᠲᠤᠭᠲᠠᠭᠠᠭᠰᠠᠨ ᠪᠢᠴᠢᠭ᠂ ᠬᠠᠤᠯᠢ ᠴᠠᠭᠠᠵᠠ ᠶᠢᠨ ᠬᠢᠨᠠᠨ ᠲᠤᠭᠲᠠᠭᠠᠬᠤ ᠡᠷᠭᠦᠳᠡᠯ ᠦᠨ ᠪᠢᠴᠢᠭ᠂ ᠪᠢᠴᠢᠭ︔ ᠰᠡᠭᠦᠳᠡᠷ ᠪᠠᠶᠢᠨᠠ᠃
ᠳᠡᠭᠡᠷᠡᠬᠢ ᠭᠡᠷᠡᠴᠢ ᠪᠠᠷᠢᠮᠳᠠ ᠶᠢ ᠴᠤᠭᠯᠠᠭᠤᠯᠤᠭᠰᠠᠨ ᠵᠢᠷᠤᠮ ᠨᠢ ᠬᠠᠤᠯᠢ ᠶᠢᠨ ᠲᠤᠭᠲᠠᠭᠠᠯ ᠳᠤ ᠨᠡᠶᠢᠴᠡᠵᠤ᠂ ᠠᠭᠤᠯᠭᠠ ᠨᠢ ᠪᠣᠰᠤᠳᠴᠢ ᠦᠨᠡᠨ ᠪᠣᠳᠠᠲᠠᠢ᠂ ᠵᠠᠭᠠᠯᠳᠤᠭᠰᠠᠨ ᠶᠠᠯᠠᠲᠤ ᠬᠡᠷᠡᠭ ᠢ ᠭᠡᠷᠡᠴᠢᠯᠡᠵᠤ ᠳᠡᠶᠢᠯᠦᠨᠡ᠃ ᠵᠠᠭᠠᠯᠳᠤᠭᠳᠠᠭᠴᠢ ᠭᠠᠩ** ᠵᠠᠭᠠᠯᠳᠤᠭᠰᠠᠨ ᠶᠠᠯᠠᠲᠤ ᠬᠡᠷᠡᠭ ᠪᠠ ᠭᠡᠷᠡᠴᠢ ᠪᠠᠷᠢᠮᠳᠠ ᠳᠤ ᠰᠠᠨᠠᠯ ᠦᠭᠡᠢ᠂ ᠰᠠᠶᠢᠨ ᠳᠤᠷᠠ ᠠᠴᠠ ᠪᠠᠨ ᠶᠠᠯᠠ ᠪᠠᠨ ᠮᠡᠳᠡᠷᠡᠵᠤ᠂ ᠰᠢᠳᠭᠡᠯ ᠬᠦᠯᠢᠶᠡᠨᠡ᠃
ᠭᠠᠩ** ᠬᠠᠶᠢᠬᠤᠷᠬᠤ ᠦᠭᠡᠢ ᠰᠣᠭᠲᠤᠭᠤ ᠪᠠᠷ ᠵᠢᠷᠭᠤᠳᠤᠭᠠᠷ ᠨᠢᠭᠡᠳᠦᠭᠡᠷ ᠵᠣᠷᠪᠤᠰ ᠤᠨ
ᠡᠭᠦᠨ ᠦ ᠲᠤᠯᠠ
ᠠᠪᠠᠭᠠ ᠬᠣᠰᠢᠭᠤᠨ ᠤ ᠠᠷᠠᠳ ᠤᠨ ᠰᠢᠬᠦᠬᠦ ᠬᠣᠷᠢᠶᠠᠨ ᠳᠤ
ᠪᠠᠶᠢᠴᠠᠭᠠᠭᠴᠢ ᠄ ᠾᠦᠸ᠋ᠸ ᠲᠠᠨᠠ
2019 ᠤᠨ ᠤ 12 ᠰᠠᠷᠠ ᠶᠢᠨ 16 ᠤ ᠡᠳᠦᠷ
ᠲᠠᠭᠠᠯᠳᠤᠭᠤᠯᠤᠯ ᠄
1. ᠵᠠᠭᠠᠯᠳᠤᠭᠳᠠᠭᠴᠢ ᠭᠠᠩ** ᠠᠪᠠᠭᠠ ᠬᠣᠰᠢᠭᠤᠨ ᠤ ** ᠲᠣᠭᠤᠷᠢᠭ ᠤᠨ ** ᠠᠰᠠᠷ ᠤᠨ ** ᠨᠢᠭᠡᠴᠡ ᠶᠢᠨ** ᠳᠦ ᠪᠠᠲᠤᠯᠠᠭᠠ ᠠᠪᠴᠦ ᠰᠢᠭᠦᠯᠲᠡ ᠶᠢ ᠬᠦᠯᠢᠶᠡᠵᠤ ᠪᠠᠶᠢᠨᠠ᠃
2. ᠬᠡᠷᠡᠭ ᠦᠨ ᠡᠪᠬᠡᠮᠡᠯ ᠬᠣᠶᠠᠷ ᠪᠣᠳᠢ᠃
3. ᠶᠠᠯᠠ ᠪᠠᠨ ᠮᠡᠳᠡᠷᠡᠨ ᠰᠢᠳᠭᠡᠯ ᠬᠦᠯᠢᠶᠡᠵᠤ ᠭᠡᠮᠰᠢᠨ ᠤᠬᠠᠭᠠᠷᠠᠬᠤ ᠪᠠᠲᠤᠯᠠᠭᠠ ᠶᠢᠨ ᠪᠢᠴᠢᠭ ᠨᠢᠭᠡ ᠬᠤᠪᠢ᠃
评论
成为第一个评论者
发表评论
评论